ᠳᠤᠮᠳᠠᠳᠤ ᠤᠯᠤᠰ ᠎ᠤᠨ ᠬᠢᠯᠢ ᠡᠴᠡ ᠭᠠᠷᠬᠤ ᠰᠢᠨ᠎ᠡ ᠲᠣᠭᠲᠠᠭᠠᠯ ᠎ᠤᠨ ᠲᠤᠬᠠᠶ
2026-08-10
ᠣᠩᠱᠢᠭ᠍ᠰᠠᠨ ᠣᠳᠠᠭ᠎ᠠ᠄

ᠳᠤᠮᠳᠠᠳᠤ ᠤᠯᠤᠰ ᠎ᠤᠨ ᠬᠢᠯᠢ ᠡᠴᠡ ᠭᠠᠷᠬᠤ ᠰᠢᠨ᠎ᠡ ᠲᠣᠭᠲᠠᠭᠠᠯ ᠎ᠤᠨ ᠲᠤᠬᠠᠶ

 

2026 ᠣᠨ ᠦ 7 ᠰᠠᠷ᠎ᠠ ᠶᠢᠨ 31 ᠦ ᠡᠳᠦᠷ ᠂ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠣᠷᠢᠶ᠎ᠠ ᠠᠴᠠ ᠰᠢᠨ᠎ᠡᠬᠢᠯᠢ ᠪᠡᠷ ᠣᠷᠣᠵᠤ ᠭᠠᠷᠬᠤ ᠬᠠᠮᠢᠶᠠᠷᠤᠯᠲᠠ ᠶᠢᠨ ᠲᠣᠭᠲᠠᠭᠠᠯ  ᠢ ᠨᠡᠶᠢᠲᠡᠯᠡᠪᠡ ᠂ ᠲᠣᠰ ᠲᠣᠭᠲᠠᠭᠠᠯ ᠨᠢ 9 ᠰᠠᠷ᠎ᠠ ᠶᠢᠨ 15 ᠤ ᠡᠳᠦᠷ ᠡᠴᠡ ᠬᠦᠴᠦᠨ ᠲᠡᠶ ᠪᠣᠯᠤᠨ᠎ᠠ ᠃ ᠲᠣᠰ ᠬᠠᠤᠯᠢ  ᠤᠨ ᠳᠥᠷᠪᠡᠳᠦᠭᠡᠷ ᠵᠦᠢᠯ ᠢ ᠦᠨᠳᠦᠰᠦᠯᠡᠪᠡᠯ᠂ ᠳᠤᠮᠳᠠᠳᠤ ᠤᠯᠤᠰ ᠤᠨ ᠠᠷᠠᠳ ᠢᠷᠭᠡᠨ ᠬᠢᠯᠢ ᠶᠢᠨ ᠭᠠᠳᠠᠨ᠎ᠠ ᠤᠯᠤᠰ ᠣᠷᠣᠨ ᠤ ᠠᠮᠤᠷ ᠲᠦᠪᠰᠢᠨ ᠪᠤᠶᠤ ᠤᠯᠤᠰ ᠣᠷᠣᠨ ᠤ ᠠᠰᠢᠭ ᠲᠤᠰᠠ ᠳᠤ ᠬᠣᠣᠷ ᠬᠥᠨᠥᠭᠡᠯ ᠤᠴᠠᠷᠠᠭᠤᠯᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠪᠡᠯ᠂ ᠤᠯᠤᠰ ᠲᠠᠭᠠᠨ ᠪᠤᠴᠠᠭᠰᠠᠨ ᠤ ᠲᠠᠷᠠᠭ᠎ᠠ ᠵᠢᠷᠭᠤᠭᠠᠨ ᠰᠠᠷ᠎ᠠ ᠠᠴᠠ ᠭᠤᠷᠪᠠᠨ ᠵᠢᠯ ᠦᠨ ᠳᠣᠲᠣᠷ᠎ᠠ ᠬᠢᠯᠢ ᠡᠴᠡ ᠭᠠᠷᠴᠤ ᠪᠣᠯᠬᠤ ᠦᠭᠡᠢ ᠭᠡᠵᠦ ᠲᠣᠭᠲᠠᠭᠠᠪᠠ᠃ ᠡᠭᠦᠨ ᠡᠴᠡ ᠭᠠᠳᠠᠨ᠎ᠠ᠂ ᠡᠳᠡᠭᠡᠷ ᠲᠣᠭᠲᠠᠭᠠᠯ ᠨᠢ ᠤᠯᠤᠰ ᠤᠨ ᠠᠵᠤ ᠦᠢᠯᠡᠳᠪᠦᠷᠢ ᠪᠤᠶᠤ ᠲᠧᠭᠨᠢᠭ ᠮᠡᠷᠭᠡᠵᠢᠯ ᠦᠨ ᠠᠮᠤᠷ ᠲᠦᠪᠰᠢᠨ ᠢ ᠰᠦᠷᠳᠡᠭᠦᠯᠵᠦ ᠪᠠᠶᠢᠭ᠎ᠠ ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠪᠠ ᠲᠧᠭᠨᠢᠭ ᠮᠡᠷᠭᠡᠵᠢᠯ ᠲᠡᠶ ᠬᠣᠯᠪᠣᠭᠳᠠᠬᠤ ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ ᠠᠵᠢᠯᠯᠠᠭ᠎ᠠ ᠳᠤ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠨ᠎ᠠ ᠭᠡᠪᠡ᠃

 

ᠡᠨᠡ ᠨᠢ 9 ᠰᠠᠷ᠎ᠠ ᠶᠢᠨ 15 ᠤ ᠡᠳᠦᠷ ᠡᠴᠡ ᠡᠬᠢᠯᠡᠨ ᠂ ᠬᠤᠪᠢ ᠬᠥᠮᠦᠨ ᠦ ᠭᠠᠳᠠᠭᠠᠳᠤ ᠳᠠᠬᠢ ᠠᠵᠢᠯᠯᠠᠭ᠎ᠠ ᠨᠢ ᠲᠡᠳᠡᠨ ᠦ ᠳᠤᠮᠳᠠᠳᠤ ᠤᠯᠤᠰ ᠲᠤ ᠪᠤᠴᠠᠵᠤ ᠢᠷᠡᠭᠰᠡᠨ ᠦ ᠳᠠᠷᠠᠭᠠᠬᠢ ᠡᠷᠬᠡ ᠴᠢᠯᠥᠭᠡ ᠶᠢ ᠰᠢᠭᠤᠳ ᠨᠥᠯᠥᠭᠡᠯᠡᠵᠦ ᠮᠡᠳᠡᠨ᠎ᠡ ᠭᠡᠳᠡᠭ ᠢ ᠬᠠᠷᠠᠭᠤᠯᠵᠤ ᠪᠠᠶᠢᠨ᠎ᠠ ᠃

 

ᠡᠳᠡᠭᠡᠷ ᠰᠢᠨ᠎ᠡ ᠲᠦᠷᠢᠮ ᠢ ᠨᠡᠶᠢᠲᠡᠯᠡᠭᠰᠡᠨ ᠨᠢ ᠭᠠᠭᠴᠠᠭᠠᠷᠳᠠᠮᠠᠯ ᠶᠠᠪᠤᠳᠠᠯ ᠪᠢᠰᠢ᠃ ᠥᠪᠥᠷ ᠮᠤᠩᠭᠤᠯᠴᠤᠳ ᠤᠨ ᠬᠢᠯᠢ ᠡᠴᠡ ᠭᠠᠷᠬᠤ ᠢ ᠬᠢᠵᠠᠭᠠᠷᠯᠠᠬᠤ ᠪᠠ ᠫᠠᠰᠫᠣᠷᠲ ᠤᠨ ᠬᠠᠮᠢᠶᠠᠷᠤᠯᠲᠠ ᠤᠨ ᠲᠤᠬᠠᠢ ᠣᠯᠠᠨ ᠵᠢᠯ  ᠡᠴᠡ ᠲᠡᠮᠳᠡᠭᠯᠡᠭᠳᠡᠭᠰᠡᠭᠡᠷ ᠢᠷᠡᠭᠰᠡᠨ ᠶᠤᠮ ᠃

 

2020 ᠣᠨ ᠤ 7 ᠰᠠᠷ᠎ᠠ ᠳᠤ ᠂ ᠬᠥᠬᠡᠬᠣᠲᠠ ᠶᠢᠨ ᠦᠨᠳᠦᠰᠦᠲᠡᠨ ᠦ ᠶᠡᠬᠡ ᠰᠤᠷᠭᠠᠭᠤᠯᠢ ᠮᠡᠳᠡᠭᠳᠡᠯ ᠨᠡᠶᠢᠲᠡᠯᠡᠵᠦ ᠂ ᠪᠥᠬᠥ ᠪᠠᠭᠰᠢ ᠠᠵᠢᠯᠲᠠᠨ ᠢ ᠫᠠᠰᠫᠣᠷᠲ ᠪᠠ ᠰᠢᠶᠠᠩᠭᠠᠩ ᠂ ᠣᠣᠮᠧᠨ ᠂ ᠲᠠᠶᠢᠸᠠᠨ ᠤ ᠵᠢᠭᠤᠯᠴᠢᠯᠠᠯ ᠤᠨ ᠦᠨᠡᠮᠯᠡᠯ ᠢᠶᠡᠨ ᠲᠤᠰᠢᠶᠠᠵᠤ ᠂ ᠰᠤᠷᠭᠠᠭᠤᠯᠢ ᠡᠴᠡ ᠲᠥᠪᠯᠡᠷᠡᠭᠦᠯᠦᠨ ᠬᠠᠳᠠᠭᠠᠯᠠᠬᠤ ᠬᠡᠷᠡᠭᠲᠡᠶ ᠭᠡᠵᠦ ᠱᠠᠭᠠᠷᠳᠠᠪᠠ ᠃ ᠲᠣᠭᠲᠠᠭᠠᠯ  ᠢ ᠵᠢᠷᠤᠮᠯᠠᠬᠤ ᠦᠭᠡᠶ ᠠᠵᠢᠯᠲᠠᠨ ᠳᠤ ᠬᠣᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ ᠰᠠᠬᠢᠯᠭ᠎ᠠ ᠪᠠᠲᠤ  ᠶᠢᠨ ᠰᠢᠳᠬᠡᠯ ᠥᠭᠭᠦᠨ᠎ᠡ ᠭᠡᠪᠡ᠃ ᠡᠶᠢᠮᠦᠷᠬᠦ ᠫᠠᠰᠫᠣᠷᠲ ᠤᠨ ᠬᠠᠮᠢᠶᠠᠷᠤᠯᠲᠠ ᠶᠢᠨ ᠲᠦᠷᠢᠮ ᠢ ᠨᠢᠭᠡᠨᠲᠡ ᠳᠤᠮᠳᠠᠳᠤ ᠤᠯᠤᠰ ᠤᠨ ᠣᠯᠠᠨ ᠭᠠᠵᠠᠷ ᠣᠷᠣᠨ ᠳᠤ ᠬᠡᠷᠡᠭᠵᠢᠭᠦᠯᠵᠦ ᠂ ᠪᠠᠭᠰᠢ ᠂ ᠡᠮᠴᠢ ᠂ ᠰᠤᠪᠢᠯᠠᠭᠴᠢ ᠪᠠ ᠤᠯᠤᠰ ᠤᠨ ᠥᠮᠴᠢᠯᠡᠯ ᠦᠨ ᠠᠵᠤ ᠠᠬᠤᠶᠢᠯᠠᠯ ᠤᠨ ᠠᠵᠢᠯᠲᠠᠨ ᠢ ᠨᠥᠯᠥᠭᠡᠯᠡᠭᠰᠡᠨ ᠪᠠᠶᠢᠨ᠎ᠠ ᠃

 

ᠫᠠᠰᠫᠣᠷᠲ ᠢ ᠬᠣᠷᠢᠶᠠᠨ ᠠᠪᠬᠤ ᠨᠢ ᠦᠶᠯᠡᠳᠦᠯᠭᠡ ᠶᠢᠨ ᠳᠤᠮᠳᠠ ᠶᠠᠭᠤ ᠶᠢ ᠬᠠᠷᠠᠭᠤᠯᠵᠤ ᠪᠠᠶᠢᠬᠤ ᠪᠣᠶ ᠭᠡᠪᠡᠯ᠄ ᠵᠥᠪᠬᠡᠨ ᠫᠠᠰᠫᠣᠷᠲ ᠲᠠᠶ ᠪᠠᠶᠬᠤ ᠨᠢ ᠫᠠᠰᠫᠣᠷᠲ ᠢ ᠬᠡᠷᠡᠭᠯᠡᠬᠦ ᠡᠷᠬᠡ ᠴᠢᠯᠥᠭᠡ ᠲᠡᠶ ᠪᠠᠶᠬᠤ ᠶᠢ ᠯᠠᠪᠲᠠᠶ ᠪᠠᠲᠤᠯᠠᠵᠤ ᠴᠢᠳᠠᠬᠤ ᠪᠢᠰᠢ ᠃ ᠵᠥᠪᠰᠢᠶᠡᠷᠡᠯ ᠦᠭᠡᠶ ᠪᠡᠷ ᠭᠠᠳᠠᠭᠠᠳᠤ ᠳᠤ ᠭᠠᠷᠴᠤ ᠵᠢᠭᠤᠯᠴᠢᠯᠠᠬᠤ ᠨᠢ ᠰᠠᠬᠢᠯᠭ᠎ᠠ ᠪᠠᠲᠤ  ᠶᠢᠨ ᠰᠢᠳᠬᠡᠯ ᠥᠭᠬᠦ ᠪᠤᠶᠤ ᠴᠢᠨᠠᠭᠰᠢᠯᠠᠪᠠᠯ ᠠᠵᠢᠯ  ᠠᠴᠠ ᠨᠢ ᠵᠣᠭᠰᠣᠭᠠᠵᠤ ᠮᠡᠳᠡᠨ᠎ᠡ ᠭᠡᠵᠦ ᠵᠠᠷᠢᠮ ᠠᠯᠪᠠᠨ ᠲᠤᠰᠢᠶᠠᠯᠲᠠᠨ ᠳᠤ ᠲᠣᠳᠣᠷᠬᠠᠶ ᠮᠡᠳᠡᠭᠳᠡᠵᠡᠶ ᠃

 

7 ᠰᠠᠷ᠎ᠠ ᠶᠢᠨ 1 ᠦ ᠡᠳᠦᠷ᠂ ᠦᠨᠳᠦᠰᠦᠲᠡᠨ ᠦ ᠪᠦᠯᠬᠦᠮᠳᠡᠯ ᠲᠠᠪᠰᠢᠯᠳᠠ ᠶᠢ ᠠᠬᠢᠭᠤᠯᠬᠤ ᠬᠠᠤᠯᠢ ᠵᠢᠩᠬᠢᠨᠢ ᠪᠡᠷ ᠬᠦᠴᠦᠨ ᠲᠡᠶ ᠪᠣᠯᠪᠠ᠃ ᠲᠣᠰ ᠬᠠᠤᠯᠢ  ᠤᠨ ᠵᠢᠷᠠᠨ ᠭᠤᠷᠪᠠᠳᠤᠭᠠᠷ ᠵᠦᠢᠯ ᠲᠤᠰᠬᠠᠶᠢᠯᠠᠨ ᠳᠤᠮᠳᠠᠳᠤ ᠤᠯᠤᠰ ᠤᠨ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠦ ᠴᠢᠭᠯᠡᠭᠦᠯᠵᠦ᠂ ᠦᠨᠳᠦᠰᠦᠲᠡᠨ ᠦ ᠪᠦᠯᠬᠦᠮᠳᠡᠯ ᠲᠠᠪᠰᠢᠯᠳᠠ ᠶᠢ ᠡᠪᠳᠡᠬᠦ᠂ ᠦᠨᠳᠦᠰᠦᠲᠡᠨ ᠢ ᠬᠠᠭᠠᠴᠠᠭᠤᠯᠬᠤ ᠶᠢ ᠤᠬᠠᠭᠤᠯᠬᠤ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠢ ᠲᠣᠭᠲᠠᠭᠠᠵᠠᠶ᠃

 

ᠡᠨᠡ ᠬᠦ ᠲᠣᠭᠲᠠᠭᠠᠯ ᠨᠢ ᠳᠤᠮᠳᠠᠳᠤ ᠤᠯᠤᠰ ᠤᠨ ᠬᠢᠯᠢ ᠶᠢᠨ ᠭᠠᠳᠠᠨ᠎ᠠ ᠬᠢᠭ᠍ᠰᠡᠨ ᠠᠵᠢᠯᠯᠠᠭ᠎ᠠ ᠳᠤ ᠲᠣᠬᠢᠷᠠᠨ᠎ᠠ ᠭᠡᠳᠡᠭ ᠢ ᠳᠤᠮᠳᠠᠳᠤ ᠤᠯᠤᠰ ᠤᠨ ᠠᠯᠪᠠᠨ ᠲᠤᠰᠢᠶᠠᠯᠲᠠᠨ ᠲᠣᠳᠣᠷᠬᠠᠶ ᠮᠡᠳᠡᠷᠡᠵᠦ ᠪᠠᠶᠢᠨ᠎ᠠ ᠃ 6 ᠰᠠᠷ᠎ᠠ ᠳᠤ ᠂ ᠬᠠᠤᠯᠢ ᠴᠠᠭᠠᠵᠠ ᠶᠢᠨ ᠶᠠᠮᠤᠨ ᠤ ᠳᠡᠳ᠋ ᠰᠠᠶᠢᠳ ᠬᠤ ᠸᠧᠶ ᠯᠢᠶᠸ ᠢᠯᠡᠷᠬᠡᠶᠢᠯᠡᠬᠦ ᠳᠡᠭᠡᠨ ᠂ ᠦᠨᠳᠦᠰᠦᠲᠡᠨ ᠦ ᠬᠠᠭᠠᠴᠠᠭᠤᠯᠬᠤ ᠦᠵᠡᠯ ᠢ ᠡᠷᠭᠢᠯᠡᠵᠦ ᠪᠠᠶᠢᠭ᠎ᠠ ᠪᠤᠶᠤ ᠳᠤᠮᠳᠠᠳᠤ ᠤᠯᠤᠰ ᠤᠨ ᠦᠨᠳᠦᠰᠦᠲᠡᠨ ᠦ ᠪᠦᠯᠬᠦᠮᠳᠡᠯ ᠢ ᠡᠪᠳᠡᠵᠦ ᠪᠠᠶᠢᠭ᠎ᠠ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠡᠴᠡ ᠬᠠᠤᠯᠢ  ᠶᠢᠨ ᠬᠠᠷᠢᠭᠤᠴᠠᠯᠭ᠎ᠠ ᠨᠡᠬᠡᠮᠵᠢᠯᠡᠵᠦ ᠮᠡᠳᠡᠨ᠎ᠡ ᠭᠡᠵᠡᠶ ᠃

 

ᠭᠠᠳᠠᠭᠠᠳᠤ  ᠳ᠋ᠦ ᠪᠠᠢᠬᠤ ᠥᠪᠥᠷ ᠮᠤᠩᠭᠤᠯᠴᠤᠳ ᠲᠤ ᠠᠪᠴᠤ ᠬᠡᠯᠡᠪᠡᠯ ᠂ ᠡᠨᠡ ᠬᠦ ᠬᠠᠤᠯᠢ ᠨᠢ ᠨᠢᠭᠡᠨ ᠴᠢᠬᠤᠯᠠ ᠡᠷᠭᠢᠯᠲᠡ ᠶᠢᠨ ᠴᠡᠭ ᠢ ᠬᠠᠷᠠᠭᠤᠯᠵᠤ ᠪᠣᠶ ᠄ ᠳᠤᠮᠳᠠᠳᠤ ᠤᠯᠤᠰ ᠤᠨ ᠦᠨᠳᠦᠰᠦᠲᠡᠨ ᠦ ᠮᠡᠳᠡᠷᠡᠮᠵᠢ ᠪᠠ ᠤᠯᠤᠰ ᠲᠥᠷᠥ ᠶᠢᠨ ᠢᠯᠡᠳᠬᠡᠯᠲᠡ ᠶᠢᠨ ᠲᠤᠬᠠᠶ ᠬᠢᠨᠠᠯᠲᠠ ᠬᠠᠮᠢᠶᠠᠷᠤᠯᠲᠠ ᠶᠢᠨ ᠪᠣᠷᠣ ᠲᠥᠯᠥᠪ ᠣᠲᠣ ᠨᠢᠭᠡᠨᠲᠡ ᠤᠯᠤᠰ ᠤᠨ ᠬᠢᠯᠢ ᠡᠴᠡ ᠲᠣᠳᠣᠷᠬᠠᠶ ᠳᠠᠪᠠᠭᠰᠠᠨ ᠪᠠᠶᠢᠨ᠎ᠠ ᠃ ᠣᠯᠠᠨ ᠵᠢᠯ ᠦᠨ ᠲᠤᠷᠰᠢ ᠂ ᠭᠠᠳᠠᠭᠠᠳᠤ  ᠳ᠋ᠦ ᠪᠠᠢᠭ᠎ᠠ ᠥᠪᠥᠷ ᠮᠤᠩᠭᠤᠯᠴᠤᠳ ᠮᠣᠩᠭᠣᠯ ᠬᠡᠯᠡᠨ ᠦ ᠰᠤᠷᠭᠠᠨ ᠬᠥᠮᠦᠵᠢᠯ ᠂ ᠮᠣᠩᠭᠣᠯ ᠰᠣᠶᠣᠯ  ᠪᠠᠨ ᠪᠠᠳᠠᠷᠠᠭᠤᠯᠬᠤ ᠭᠡᠵᠦ  ᠴᠢᠷᠮᠠᠢᠭᠠᠳ ᠢᠷᠡᠭ᠍ᠰᠡᠨ᠃ ᠤᠯᠠᠨ ᠮᠤᠩᠭᠤᠯᠴᠤᠳ ᠡᠳᠡᠭᠡᠷ ᠠᠰᠠᠭᠤᠳᠠᠯ ᠤᠨ ᠲᠤᠬᠠᠶ ᠤᠯᠠᠨ ᠤᠯᠤᠰ ᠤᠨ ᠤᠬᠠᠭᠤᠯᠭ᠎ᠠ ᠳᠤ ᠣᠷᠣᠯᠴᠠᠭᠰᠠᠨ ᠪᠠᠶᠢᠨ᠎ᠠ᠃ ᠡᠳᠡᠭᠡᠷ ᠠᠵᠢᠯᠯᠠᠭ᠎ᠠ ᠨᠢ ᠣᠳᠣ ᠨᠡᠩ ᠴᠢᠩᠭ᠎ᠠ ᠬᠠᠤᠯᠢ ᠴᠠᠭᠠᠵᠠ ᠶᠢᠨ ᠬᠢᠵᠠᠭᠠᠷᠠᠯ ᠳ᠋ᠦ ᠤᠴᠠᠷᠠᠪᠠ᠃

 

ᠭᠠᠳᠠᠭᠠᠳᠤ ᠳᠤ ᠰᠠᠭᠤᠵᠤ ᠪᠠᠶᠢᠭ᠎ᠠ ᠥᠪᠥᠷ ᠮᠣᠩᠭᠣᠯᠴᠤᠳ ᠲᠤ ᠠᠪᠴᠤ ᠬᠡᠯᠡᠪᠡᠯ ᠂ ᠲᠡᠭᠦᠨ ᠦ ᠨᠥᠯᠥᠭᠡ ᠨᠢ ᠵᠢᠭᠤᠯᠴᠢᠯᠠᠯ ᠤᠨ ᠡᠷᠬᠡ ᠴᠢᠯᠥᠭᠡᠨ ᠦ ᠠᠰᠠᠭᠤᠳᠠᠯ ᠠᠴᠠ ᠬᠣᠯᠠ ᠳᠠᠪᠠᠭᠰᠠᠨ ᠪᠠᠶᠢᠨ᠎ᠠ ᠃

 

ᠳᠤᠮᠳᠠᠳᠤ ᠤᠯᠤᠰ ᠤᠨ ᠤᠯᠤᠰ ᠠᠯᠤᠰᠯᠠᠨ ᠳᠠᠷᠤᠩᠭᠤᠶᠢᠯᠠᠯ ᠤᠨ ᠲᠤᠬᠠᠶ ᠰᠤᠳᠤᠯᠭᠠᠨ ᠪᠠ ᠮᠡᠳᠡᠭᠡᠯᠡᠯ ᠨᠢ ᠬᠢᠲᠠᠳ ᠤᠨ ᠵᠠᠰᠠᠭ ᠤᠨ ᠣᠷᠳᠣᠨ ᠡᠴᠡ ᠭᠠᠳᠠᠭᠠᠳᠤ ᠳᠤ ᠰᠠᠭᠤᠭ᠎ᠠ ᠬᠥᠮᠦᠰ ᠦᠨ ᠲᠦᠷᠦᠯ ᠰᠠᠳᠤᠨ ᠳᠤ ᠴᠢᠭᠯᠡᠭᠦᠯᠦᠭᠰᠡᠨ ᠬᠢᠨᠠᠯᠲᠠ᠂ ᠰᠦᠷᠳᠡᠭᠦᠯᠦᠯ ᠪᠠ ᠳᠠᠷᠤᠯᠲᠠ ᠶᠢ ᠲᠡᠮᠳᠡᠭᠯᠡᠭᠰᠡᠨ ᠪᠠᠶᠢᠨ᠎ᠠ᠃ 

ᠡᠳᠡᠭᠡᠷ ᠬᠤᠪᠢᠷᠠᠯᠲᠠ ᠶᠢᠨ ᠠᠴᠢ ᠬᠣᠯᠪᠣᠭᠳᠠᠯ ᠨᠢ ᠲᠡᠳᠡᠨ ᠦ ᠬᠡᠷᠬᠢᠨ ᠬᠠᠮᠲᠤᠷᠠᠨ ᠠᠵᠢᠯᠯᠠᠬᠤ ᠳᠤ  ᠪᠠᠢᠨ᠎ᠠ᠄

 

ᠥᠪᠥᠷ ᠮᠣᠩᠭᠣᠯ ᠳ᠋ᠦ᠂ ᠪᠠᠭᠰᠢ ᠂ ᠡᠮᠴᠢ᠂ ᠲᠤᠰᠬᠠᠶ ᠮᠡᠷᠭᠡᠵᠢᠯᠲᠡᠨ᠂ ᠤᠯᠤᠰ ᠤᠨ ᠠᠵᠢᠯᠲᠠᠨ ᠪᠠ ᠵᠠᠷᠢᠮ ᠠᠵᠤ ᠠᠬᠤᠶᠢᠯᠠᠯ ᠤᠨ ᠠᠵᠢᠯᠴᠢᠨ ᠨᠢᠭᠡᠨᠲᠡ ᠫᠠᠰᠫᠣᠷᠲ ᠢᠶᠠᠨ ᠬᠤᠷᠢᠶᠠᠭᠳᠠᠵᠤ᠂ ᠭᠠᠳᠠᠭᠠᠳᠤ ᠳᠤ ᠵᠢᠭᠤᠯᠴᠢᠯᠠᠬᠤ ᠳ᠋ᠦ ᠡᠷᠬᠡᠪᠰᠢ ᠪᠠᠶᠢᠭᠤᠯᠤᠮᠵᠢ ᠶᠢᠨ ᠵᠥᠪᠰᠢᠶᠡᠷᠡᠯ  ᠪᠠᠢᠬᠤ ᠬᠡᠷᠡᠭ᠍ᠲᠡᠢ᠃

 

ᠳᠤᠮᠳᠠᠳᠤ ᠤᠯᠤᠰ ᠤᠨ ᠬᠢᠯᠢ ᠳᠡᠭᠡᠷ᠎ᠡ ᠂ ᠬᠢᠯᠢ ᠡᠴᠡ ᠭᠠᠷᠬᠤ ᠲᠤᠬᠠᠶ ᠰᠢᠨ᠎ᠡ ᠲᠣᠭᠲᠠᠭᠠᠯ ᠨᠢ ᠵᠠᠰᠠᠭ ᠤᠨ ᠣᠷᠳᠣᠨ ᠳ᠋ᠦ ᠢᠯᠡᠭᠦᠴᠡ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ ᠂ ᠮᠤᠩᠭᠤᠯᠴᠤᠳ ᠦᠨ ᠤᠯᠤᠰ ᠠᠴᠠ ᠭᠠᠷᠬᠤ ᠶᠢ ᠤᠯᠠᠮ ᠨᠢᠭᠡ ᠠᠯᠬᠤᠮ ᠬᠢᠵᠠᠭᠠᠷᠯᠠᠪᠠ᠃ ᠡᠭᠦᠨ ᠦ ᠬᠠᠮᠲᠤ ᠂ ᠣᠲᠣ ᠢᠨ ᠪᠠᠶᠢᠭ᠎ᠠ ᠬᠢᠯᠢ ᠠᠯᠤᠰᠯᠠᠭᠰᠠᠨ ᠳᠠᠷᠤᠯᠲᠠ᠂ ᠠᠯᠪᠠᠳᠠᠯᠭ᠎ᠠ ᠪᠠᠷ ᠪᠤᠴᠠᠭᠠᠨ ᠶᠠᠪᠤᠭᠤᠯᠬᠤ ᠪᠠ ᠬᠡᠷ ᠪᠦᠯᠢ ᠶᠢᠨ ᠪᠦᠷᠢᠯᠳᠦᠬᠦᠨ  ᠳ᠋ᠦ ᠳᠠᠷᠤᠯᠲᠠ ᠦᠵᠡᠭᠦᠯᠬᠦ  ᠵᠡᠷᠭᠡ ᠠᠷᠭ᠎ᠠ ᠬᠡᠮᠵᠢᠭᠡ  ᠨᠢ ᠤᠯᠠᠮ ᠬᠦᠨᠳᠦᠷᠡᠵᠦ ᠮᠡᠳᠡᠨ᠎ᠡ ᠃

 

ᠪᠥᠬᠥ ᠳᠡᠯᠡᠬᠡᠶ ᠶᠢᠨ ᠬᠡᠪᠴᠢᠶᠡᠨ ᠳᠦ ᠂ ᠰᠢᠨ᠎ᠡᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢᠨᠢ ᠭᠠᠳᠠᠭᠠᠳᠤ ᠳ᠋ᠦ ᠪᠠᠢᠭ᠎ᠠ ᠥᠪᠥᠷ ᠮᠤᠩᠭᠤᠯᠴᠤᠳ ᠤᠨ ᠠᠵᠢᠯᠯᠠᠭ᠎ᠠ ᠶᠢ ᠬᠢᠨᠠᠨ ᠪᠠᠶᠢᠴᠠᠭᠠᠬᠤ ᠪᠠ ᠬᠢᠵᠠᠭᠠᠷᠯᠠᠬᠤ ᠳᠤ ᠰᠢᠨ᠎ᠡ ᠬᠠᠤᠯᠢ ᠴᠠᠭᠠᠵᠠ᠎ ᠦᠨ ᠲᠤᠰᠤᠯᠠᠮᠵᠢ ᠬᠠᠩᠭᠠᠭᠰᠠᠨ ᠪᠠᠶᠢᠨ᠎ᠠ ᠃

 

ᠡᠳᠡᠭᠡᠷ ᠠᠷᠭ᠎ᠠ ᠬᠡᠮᠵᠢᠶ᠎ᠡ ᠶᠢᠨ ᠬᠠᠮᠵᠢᠯᠴᠠᠬᠤ ᠦᠢᠯᠡᠳᠦᠯ ᠨᠢ ᠨᠡᠩ ᠥᠷᠭᠡᠨ ᠳᠡᠯᠭᠡᠷ ᠡᠵᠡᠮᠰᠢᠯ ᠦᠨ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠬᠢᠯᠢ ᠳᠣᠲᠣᠷᠠᠬᠢ ᠥᠪᠥᠷ ᠮᠣᠩᠭᠣᠯᠴᠤᠳ᠂ ᠲᠡᠳᠡᠨ ᠦ ᠭᠡᠷ ᠦᠨ ᠬᠥᠮᠦᠰ  ᠪᠠ ᠭᠠᠳᠠᠭᠠᠳᠤ ᠳ᠋ᠦ᠍ ᠪᠠᠢᠭ᠎ᠠ ᠥᠪᠥᠷ ᠮᠣᠩᠭᠣᠯᠴᠤᠳ ᠎ᠢ ᠨᠢᠭᠲᠠ ᠬᠣᠯᠪᠣᠵᠠᠶ᠃ ᠫᠠᠰᠫᠣᠷᠲ ᠪᠠ ᠬᠢᠯᠢ ᠡᠴᠡ ᠭᠠᠷᠬᠤ ᠶᠢ ᠵᠠᠬᠢᠷᠤᠨ ᠬᠠᠮᠢᠶᠠᠷᠬᠤ ᠨᠢ ᠵᠥᠪᠬᠡᠨ ᠶᠠᠮᠠᠷ ᠨᠢᠭᠡᠨ ᠬᠥᠮᠦᠨ ᠳᠤᠮᠳᠠᠳᠤ ᠤᠯᠤᠰ ᠠᠴᠠ ᠰᠠᠯᠵᠤ ᠪᠣᠯᠬᠤ ᠡᠰᠡᠬᠦ ᠲᠤᠬᠠᠶ ᠲᠡᠳᠦᠶ ᠪᠢᠰᠢ ᠂ ᠲᠡᠳᠡ ᠨᠢᠭᠡᠨᠲᠡ ᠤᠯᠤᠰ ᠤᠨ ᠬᠢᠯᠢ ᠡᠴᠡ ᠳᠠᠪᠠᠭᠰᠠᠨ ᠨᠡᠩ ᠶᠡᠬᠡ ᠰᠢᠰᠲ᠋ᠧᠮ ᠦᠨ ᠪᠦᠷᠢᠯᠳᠦᠬᠦᠨ ᠬᠡᠰᠡᠭ ᠪᠣᠯᠤᠭᠰᠠᠨ ᠪᠠᠶᠢᠨ᠎ᠠ ᠃

 

ᠡᠨᠡᠬᠦ ᠰᠢᠨ᠎ᠡ ᠲᠣᠭᠲᠠᠭᠠᠯ ᠨᠢ 9 ᠰᠠᠷ᠎ᠠ ᠶᠢᠨ 15 ᠤ ᠡᠳᠦᠷ ᠡᠴᠡ ᠬᠦᠴᠦᠨ ᠲᠡᠶ ᠪᠣᠯᠤᠨ᠎ᠠ ᠃ ᠪᠣᠳᠠᠲᠠᠶ ᠬᠡᠷᠡᠭᠵᠢᠭᠦᠯᠬᠦ ᠥᠷᠭᠡᠴᠡ ᠶᠢ ᠪᠠᠰᠠ ᠠᠵᠢᠭᠯᠠᠬᠤ ᠴᠢᠬᠤᠯᠠᠲᠠᠶ ᠪᠠᠶᠢᠨ᠎ᠠ᠃ ᠭᠡᠪᠡᠴᠦ ᠥᠪᠥᠷ ᠮᠣᠩᠭᠣᠯᠴᠤᠳ ᠲᠤ ᠠᠪᠴᠤ ᠬᠡᠯᠡᠪᠡᠯ ᠂ ᠡᠲᠡᠭᠡᠷ ᠰᠢᠨ᠎ᠡ ᠠᠷᠭ᠎ᠠ ᠬᠡᠮᠵᠢᠶ᠎ᠡ ᠨᠢ ᠨᠢᠭᠡᠨᠲᠡ ᠣᠯᠠᠨ ᠵᠢᠯ ᠬᠡᠷᠡᠭᠵᠢᠭᠦᠯᠦᠭᠰᠡᠨ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ ᠢ ᠲᠥᠯᠥᠭᠡᠯᠡᠵᠦ ᠪᠠᠶᠢᠨ᠎ᠠ ᠃

 

 

 

ᠢᠷᠡᠯᠲᠡ᠄

2025- © Sonin ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠢᠮᠧᠯ᠄ soninhuudas@gmail.com